ᠭᠤᠤᠯ ᠨᠢᠭᠤᠷ
ᠬᠤᠷᠢᠶᠠᠨ ᠤ ᠲᠤᠢᠢᠮᠤ
ᠬᠣᠷᠢᠶᠠᠨ ᠤ ᠲᠠᠨᠢᠯᠴᠠᠭᠤᠯᠭ᠎ᠠ
ᠬᠣᠷᠢᠶᠠᠨ ᠤ ᠲᠠᠨᠢᠯᠴᠠᠭᠤᠯᠭ᠎ᠠ
ᠬᠣᠷᠢᠶᠠᠨ ᠤ ᠮᠡᠳᠡᠭᠡ
ᠤᠳᠤᠷᠢᠳᠬᠤ ᠪᠠᠭ
ᠪᠠᠢᠢᠭᠤᠯᠤᠮᠵᠢ
ᠦᠪᠦᠷ ᠮᠤᠩᠭᠤᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠣᠷᠢᠶᠠᠨ ᠤ
ᠲᠣᠪᠴᠢ ᠲᠠᠨᠢᠯᠴᠠᠭᠤᠯᠭ᠎ᠠ
ᠦᠪᠦᠷ ᠮᠤᠩᠭᠤᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠣᠷᠢᠶ᠎ᠠ ᠮᠠᠨᠢ 1960 ᠤᠨ ᠤ 4 ᠰᠠᠷ᠎ᠠ ᠶᠢᠨ 25 ᠤ ᠡᠳᠦᠷ ᠪᠠᠢᠢᠭᠤᠯᠤᠭᠳᠠᠵᠠᠢ᠃ ᠮᠠᠨ ᠤ ᠬᠣᠷᠢᠶ᠎ᠠ ᠪᠤᠯ ᠳᠤᠮᠳᠠᠲᠤ ᠪᠠᠭ᠎ᠠ ᠰᠤᠷᠭᠠᠭᠤᠯᠢ ᠶᠢᠨ ᠡᠯ᠎ᠡ ᠬᠢᠴᠢᠶᠡᠯ ᠲᠦᠷᠦᠯ ᠦᠨ ᠮᠤᠩᠭᠤᠯ ᠬᠢᠲᠡᠳ ᠵᠢᠭᠠᠬᠤ ᠮᠠᠲ᠋ᠧᠷᠢᠶᠠᠯ ᠢ ᠨᠠᠢᠢᠷᠠᠭᠤᠯᠬᠤ᠂ ᠤᠷᠴᠢᠭᠤᠯᠬᠤ᠂ ᠬᠡᠪᠯᠡᠭᠦᠯᠬᠦ ᠪᠡᠷ ᠭᠤᠤᠯ ᠡᠭᠦᠷᠭᠡ ᠪᠤᠯᠭᠠᠭᠰᠠᠨ ᠲᠤᠰᠭᠠᠢ ᠬᠡᠪᠯᠡᠯ ᠦᠨ ᠬᠣᠷᠢᠶ᠎ᠠ ᠶᠣᠮ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠬᠠᠩᠭᠠᠬᠤ ᠰᠠᠭᠤᠷᠢᠨ ᠭᠠᠵᠠᠷ ᠪᠤᠯᠬᠤ ᠪᠦᠭᠡᠳ ᠤᠯᠤᠰ ᠤᠨ ᠰᠠᠭᠤᠷᠢ ᠰᠤᠷᠭᠠᠨ ᠬᠦᠮᠦᠵᠢᠯ ᠦᠨ ᠳᠤᠮᠳᠠᠲᠤ ᠪᠠᠭ᠎ᠠ ᠰᠤᠷᠭᠠᠭᠤᠯᠢ ᠶᠢᠨ ᠮᠤᠩᠭᠤᠯ ᠵᠢᠭᠠᠬᠤ ᠮᠠᠲ᠋ᠧᠷᠢᠶᠠᠯ ᠤᠨ ᠪᠦᠲᠦᠭᠡᠨ ᠪᠠᠢᠢᠭᠤᠯᠤᠯᠲᠠ ᠶᠢᠨ ᠴᠤᠷ ᠤᠨ ᠭᠠᠭᠴᠠ ᠰᠠᠭᠤᠷᠢᠨ ᠭᠠᠵᠠᠷ ᠪᠤᠯᠤᠨ᠎ᠠ᠃
50 ᠭᠠᠷᠤᠢ ᠵᠢᠯ ᠦᠨ ᠲᠤᠷᠰᠢ᠂ ᠮᠠᠨ ᠤ ᠬᠣᠷᠢᠶ᠎ᠠ ᠰᠠᠭᠤᠷᠢ ᠰᠤᠷᠭᠠᠨ ᠬᠦᠮᠦᠵᠢᠯ᠂ ᠦᠨᠳᠦᠰᠦᠲᠡᠨ ᠦ ᠰᠤᠷᠭᠠᠨ ᠬᠦᠮᠦᠵᠢᠯ ᠪᠤᠯᠤᠨ ᠨᠡᠢᠢᠭᠡᠮ ᠵᠢᠷᠦᠮ ᠦᠨ ᠤᠶᠤᠨ ᠤ ᠪᠤᠯᠪᠠᠰᠤᠨ ᠤ ᠪᠦᠲᠦᠭᠡᠨ ᠪᠠᠢᠢᠭᠤᠯᠤᠯᠲᠠ ᠳᠤ ᠦᠢᠯᠡᠴᠢᠯᠡᠬᠦ ᠪᠡᠷ ᠵᠤᠷᠢᠯᠲᠠ ᠪᠤᠯᠭᠠᠵᠤ᠂ ᠨᠠᠮ ᠤᠨ ᠰᠤᠷᠭᠠᠨ ᠬᠦᠮᠦᠵᠢᠯ ᠦᠨ ᠴᠢᠭ᠍ᠯᠡᠯᠲᠡ ᠪᠤᠯᠤᠨ ᠨᠤᠮ ᠬᠡᠪᠯᠡᠯ ᠦᠨ ᠴᠢᠭ᠍ᠯᠡᠯᠲᠡ ᠶᠢ ᠲᠤᠭᠤᠰᠢᠯᠠᠭᠤᠯᠤᠨ ᠨᠠᠢᠢᠳᠠᠪᠤᠷᠢᠵᠢᠭᠤᠯᠬᠤ ᠶᠢ ᠢᠮᠠᠭᠲᠠ ᠲᠡᠷᠢᠭᠦᠨ ᠪᠠᠢᠢᠷᠢᠨ ᠳᠤ ᠲᠠᠯᠪᠢᠵᠤ᠂ ᠬᠡᠤᠬᠡᠳ ᠦᠨ ᠴᠡᠴᠡᠷᠯᠢᠭ᠌᠂ ᠳᠤᠮᠳᠠᠲᠤ ᠪᠠᠭ᠎ᠠ ᠰᠤᠷᠭᠠᠭᠤᠯᠢ᠂ ᠶᠡᠬᠡ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠵᠢᠴᠢ ᠡᠯ᠎ᠡ ᠲᠦᠷᠦᠯ ᠦᠨ ᠨᠠᠰᠤᠨ ᠳᠤ ᠬᠦᠷᠦᠭᠰᠡᠳ ᠦᠨ ᠰᠤᠷᠭᠠᠨ ᠬᠦᠮᠦᠵᠢᠯ᠂ ᠦᠷᠬᠦᠯᠵᠢᠯᠡᠯ ᠰᠤᠷᠭᠠᠨ ᠬᠦᠮᠦᠵᠢᠯ ᠦᠨ ᠵᠢᠭᠠᠬᠤ ᠮᠠᠲ᠋ᠧᠷᠢᠶᠠᠯ ᠢ ᠨᠠᠢᠢᠷᠠᠭᠤᠯᠵᠤ ᠣᠷᠴᠢᠭᠤᠯᠤᠨ ᠬᠡᠪᠯᠡᠭᠦᠯᠵᠦ ᠤᠯᠤᠰ ᠤᠨ ᠳᠤᠮᠳᠠᠲᠤ ᠪᠠᠭ᠎ᠠ ᠰᠤᠷᠭᠠᠭᠤᠯᠢ ᠶᠢᠨ ᠮᠤᠩᠭᠤᠯ ᠵᠢᠭᠠᠬᠤ ᠮᠠᠲ᠋ᠧᠷᠢᠶᠠᠯ ᠪᠠ ᠦᠪᠡᠷᠲᠡᠭᠡᠨ ᠵᠠᠰᠠᠬᠤ ᠤᠷᠤᠨ ᠤ ᠡᠯ᠎ᠡ ᠲᠦᠷᠦᠯ ᠦᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠢᠢᠭᠤᠯᠤᠯᠲᠠ ᠳᠤ ᠵᠣᠬᠢᠬᠤ ᠬᠣᠪᠢ ᠨᠡᠮᠡᠷᠢ ᠦᠵᠡᠭᠦᠯᠦᠭᠰᠠᠨ ᠪᠠᠢᠢᠨ᠎ᠠ᠃
ᠥᠪᠦᠷ ᠮᠣᠩᠭᠤᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠣᠷᠢᠶ᠎ᠠ ᠰᠢᠷᠭᠠᠭᠤ ᠬᠠᠲᠠᠭᠤᠵᠢᠯᠲᠠᠢ ᠪᠠᠷ ᠠᠳᠠᠯ ᠪᠤᠰᠭᠠᠭᠰᠠᠨ᠂ ᠡᠭᠦᠳᠡ ᠪᠡᠨ ᠬᠠᠭᠠᠭᠰᠠᠨ ᠡᠴᠠ ᠳᠠᠬᠢᠨ ᠰᠡᠷᠭᠦᠭᠡᠭᠰᠡᠨ᠂ ᠴᠡᠭᠴᠡᠯᠡᠨ ᠲᠤᠬᠢᠷᠠᠭᠤᠯᠵᠤ ᠦᠳᠳᠡᠷ ᠬᠦᠭᠵᠢᠭᠦᠯᠦᠭᠰᠡᠨ᠂ ᠦᠭᠡᠷᠡᠴᠢᠯᠡᠨ ᠰᠢᠨᠡᠴᠢᠯᠡᠬᠦ ᠬᠠᠢᠢᠯᠲᠠ ᠬᠢᠭ᠌ᠰᠡᠨ᠂ ᠬᠣᠶᠠᠳᠠᠬᠢ ᠤᠳᠠᠭ᠎ᠠ ᠠᠳᠠᠯ ᠪᠣᠰᠭᠠᠭᠰᠠᠨ᠂ ᠳᠡᠭᠡᠳᠦ ᠬᠤᠷᠳᠤᠴᠠ ᠪᠠᠷ ᠤᠷᠤᠭᠰᠢᠯᠠᠨ ᠳᠠᠪᠰᠢᠭᠰᠠᠨ ᠬᠡᠳᠦᠨ ᠲᠡᠤᠭᠡᠨ ᠬᠦᠭᠵᠢᠯᠲᠡ ᠶᠢᠨ ᠱᠠᠲᠤ ᠦᠶ᠎ᠡ ᠶᠢ ᠦᠩᠭᠡᠷᠡᠭᠡᠭᠡᠳ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠪᠠᠨ ᠶᠡᠬᠡ ᠰᠣᠶᠤᠯ ᠤᠨ ᠠᠵᠤ ᠦᠢᠯᠡᠰ ᠦᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠢᠭᠡ ᠨᠢ ᠪᠣᠯᠵᠤ᠂ 2009 ᠣᠨ ᠤ 12 ᠳᠤᠭᠠᠷ ᠰᠠᠷ᠎ᠠ ᠶᠢᠨ 10 ᠳᠤ ᠥᠪᠦᠷ ᠮᠣᠩᠭᠤᠯ ᠤᠨ ᠬᠡᠪᠯᠡᠯ ᠦᠨ ᠪᠦᠯᠦᠭᠯᠡᠯ ᠵᠢᠩᠬᠢᠨᠢ ᠪᠡᠷ ᠪᠠᠢᠢᠭᠤᠯᠤᠭᠳᠠᠬᠤ ᠳᠤ ᠭᠣᠣᠯᠯᠠᠭᠴᠢ ᠨᠢᠭᠡᠴᠢ ᠶᠢᠨ ᠬᠤᠪᠢ ᠪᠠᠷ ᠪᠦᠯᠦᠭᠯᠡᠯ ᠳᠦ ᠣᠷᠤᠵᠤ᠂ ᠠᠬᠢᠭᠠᠳ ᠪᠠᠰᠠ ᠰᠢᠨ᠎ᠡ ᠲᠡᠦᠬᠡᠨ ᠬᠥᠭᠵᠢᠯ ᠦᠨ ᠱᠠᠲᠤᠨ ᠳᠤ ᠳᠠᠪᠰᠢᠯᠠ᠃ ᠮᠠᠨ ᠤ ᠬᠣᠷᠢᠶᠠᠨ ᠤ ᠬᠢᠨ 《ᠦᠢᠯᠡᠰᠴᠢ ᠤᠪᠤᠷ᠂ ᠨᠢᠮᠪᠠᠢ ᠰᠤᠷᠲᠠᠯ᠂ ᠨᠡᠭᠡᠭᠡᠭᠴᠢ ᠵᠣᠷᠢᠭ᠂ ᠦᠭᠭᠢᠶᠡᠮᠦᠷ ᠰᠡᠳᠬᠢᠯ》 ᠢ ᠪᠠᠷᠢᠵᠤ ᠵᠢᠭᠠᠬᠤ ᠮᠠᠲ᠋ᠧᠷᠢᠶᠠᠯ ᠤᠨ ᠨᠠᠢᠢᠷᠠᠭᠤᠯᠭ᠎ᠠ ᠣᠷᠴᠢᠭᠤᠯᠭ᠎ᠠ ᠬᠡᠪᠯᠡᠯ ᠦᠨ ᠶᠠᠰᠤ ᠴᠢᠨᠠᠷ ᠢ ᠳᠡᠭᠡᠳᠦᠯᠡᠨ ᠴᠢᠬᠤᠴᠢᠯᠠᠵᠤ ᠶᠠᠰᠤ ᠴᠢᠨᠠᠷ ᠢ ᠪᠠᠳᠤᠯᠠᠬᠤ ᠰᠢᠰᠲ᠋ᠧᠮ ᠪᠠ ᠬᠠᠮᠢᠶᠠᠷᠤᠯᠲᠠ ᠶᠢᠨ ᠳᠦᠷᠢᠮ ᠢᠢᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ ᠡᠯ᠎ᠡ ᠲᠡᠦᠬᠡᠨ ᠴᠠᠭ ᠦᠶ᠎ᠡ ᠳᠦ《ᠰᠤᠷᠭᠠᠭᠤᠯᠢ ᠡᠬᠢᠯᠡᠬᠦ ᠡᠴᠡ ᠡᠮᠦᠨ᠎ᠡ ᠰᠤᠷᠤᠭᠴᠢ ᠨᠢᠭᠡ ᠪᠦᠷᠢ ᠳᠦ ᠰᠤᠷᠬᠤ ᠪᠢᠴᠢᠭ᠌ ᠭᠠᠷᠳᠠᠭᠤᠯᠬᠤ》ᠭᠤᠤᠯ ᠡᠭᠦᠷᠭᠡ ᠪᠡᠨ ᠠᠮᠵᠢᠯᠲᠠᠲᠠᠢ ᠪᠡᠶᠡᠯᠡᠭᠦᠯᠦᠭᠰᠡᠭᠡᠷ ᠢᠷᠡᠵᠡᠢ᠃ 50 ᠭᠠᠷᠤᠢ ᠵᠢᠯ ᠤᠨ ᠲᠤᠷᠰᠢᠲᠠ ᠮᠠᠨ ᠤ ᠬᠣᠷᠢᠶ᠎ᠠ ᠮᠤᠩᠭᠤᠯ᠂ ᠬᠢᠲᠠᠳ᠂ ᠤᠷᠤᠰ᠂ ᠶᠠᠫᠤᠨ᠂ ᠠᠩᠭ᠍ᠯᠢ ᠵᠢᠭᠠᠬᠤ ᠮᠠᠲ᠋ᠧᠷᠢᠶᠠᠯ ᠨᠤᠮ ᠪᠢᠴᠢᠭ᠌ 30000 ᠭᠠᠷᠤᠢ ᠵᠦᠢᠯ᠂ ᠮᠤᠩᠭᠤᠯ ᠰᠡᠳᠭᠦᠯ 3 ᠵᠦᠢᠯ᠂ ᠬᠢᠲᠠᠳ ᠰᠡᠳᠭᠦᠯ 3 ᠵᠦᠢᠯ ᠢ ᠬᠡᠪᠯᠡᠭᠦᠯᠵᠦ ᠲᠠᠷᠬᠠᠭᠠᠭᠰᠠᠨ ᠪᠠᠢᠢᠨ᠎ᠠ᠃ ᠵᠢᠯ ᠦᠨ ᠬᠡᠪᠯᠡᠭᠦᠯᠬᠦ ᠨᠣᠮ ᠪᠢᠴᠢᠭ᠌ ᠦᠨ ᠲᠣᠭ᠎ᠠ ᠠᠩᠬ᠎ᠠ ᠪᠠᠢᠢᠭᠤᠯᠤᠭᠳᠠᠬᠤ ᠦᠶ᠎ᠡ ᠶᠢᠨ 20 ᠭᠠᠷᠤᠢ ᠵᠦᠢᠯ ᠪᠠᠢᠢᠭᠰᠠᠨ ᠡᠴᠠ ᠣᠳᠤ ᠨᠢᠭᠡᠨᠲᠡ 2000 ᠶ᠋ᠢ ᠳᠠᠪᠠᠵᠤ ᠵᠢᠯ ᠦᠨ ᠲᠠᠷᠬᠠᠭᠠᠵᠤ ᠪᠠᠢᠢᠭ᠎ᠠ ᠨᠣᠮ ᠪᠢᠴᠢᠭ᠌ ᠦᠨ ᠬᠠᠳᠠᠭᠰᠠᠨ ᠦᠨ᠎ᠡ 3 ᠳ᠋ᠦᠩᠰᠢᠭᠤᠷ ᠲᠦᠭᠦᠷᠢᠭ᠌ ᠢ ᠳᠠᠪᠠᠵᠤ᠂ ᠨᠡᠢᠢᠲᠡ 500 ᠭᠠᠷᠤᠢ ᠵᠦᠢᠯ ᠤᠨ ᠵᠢᠭᠠᠬᠤ ᠮᠠᠲ᠋ᠧᠷᠢᠶᠠᠯ ᠨᠤᠮ ᠪᠢᠴᠢᠭ᠌ ᠨᠢ ᠤᠯᠤᠰ᠂ ᠮᠤᠵᠢ ᠶᠠᠮᠤᠨ ᠪᠠ ᠤᠷᠤᠨ ᠤ ᠳᠡᠰ ᠦᠨ ᠡᠯ᠎ᠡ ᠵᠦᠢᠯ ᠦᠨ ᠱᠠᠩᠨᠠᠯ ᠢ ᠬᠦᠷᠲᠡᠭᠰᠡᠨ ᠪᠠᠢᠢᠳᠠᠭ᠃ ᠮᠠᠨ ᠤ ᠬᠣᠷᠢᠶᠠᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠢᠢᠭᠤᠯᠤᠯᠲᠠ ᠴᠤ ᠨᠡᠯᠢᠶᠡᠳ ᠬᠡᠪᠴᠢᠶᠡᠲᠡᠢ ᠪᠣᠯᠵᠠᠢ᠄ ᠨᠡᠢᠢᠲᠡ 258 ᠮᠤ ᠭᠠᠵᠠᠷ ᠨᠤᠲᠤᠭ ᠡᠵᠡᠯᠡᠵᠦ 23000 ᠺᠦᠸᠠᠳ᠋ ᠮᠧᠲ᠋ᠷ ᠦᠨ ᠠᠯᠪᠠᠨ ᠠᠰᠠᠷ᠂ 25000 ᠺᠦᠸᠠᠳ᠋ ᠮᠧᠲ᠋ᠷ ᠦᠨ ᠶᠡᠷᠦᠩᠬᠡᠢ ᠦᠢᠯᠡᠴᠢᠯᠡᠭᠡᠨ ᠦ ᠲᠣᠮᠤ ᠠᠰᠠᠷ᠂ 3900 ᠺᠦᠸᠠᠳ᠋ ᠮᠧᠲ᠋ᠷ ᠦᠨ ᠨᠣᠮ ᠪᠢᠴᠢᠭ᠌ ᠦᠨ ᠦᠢᠯᠡᠴᠢᠯᠡᠭᠡᠨ ᠦ ᠲᠥᠪ᠂ 3400 ᠺᠦᠸᠠᠳ᠋ ᠮᠧᠲ᠋ᠷ ᠦᠨ ᠵᠢᠷᠤᠭ ᠴᠢᠮᠡᠭᠯᠡᠯ ᠪᠣᠯᠤᠨ ᠳ᠋ᠢᠵᠢᠲ᠋ᠴᠢᠯᠡᠭᠰᠡᠨ ᠬᠡᠪ ᠪᠠᠷᠯᠠᠯ ᠤᠨ ᠲᠣᠮᠤ ᠠᠰᠠᠷ᠂ 5100 ᠺᠦᠸᠠᠳ᠋ ᠮᠧᠲ᠋ᠷ ᠦᠨ ᠡᠳ᠋ᠯᠡᠩ ᠬᠠᠮᠢᠶᠠᠷᠤᠯᠲᠠ ᠬᠢᠭᠡᠳ ᠦᠢᠯᠡᠴᠢᠯᠡᠭᠡᠨ ᠦ ᠲᠥᠪ᠂ 28500 ᠺᠦᠸᠠᠳ᠋ ᠮᠧᠲ᠋ᠷ ᠦᠨ ᠰᠠᠭᠤᠴᠠ ᠶᠢᠨ ᠠᠰᠠᠷ᠂ 4300 ᠺᠦᠸᠠᠳ᠋ ᠮᠧᠲ᠋ᠷ ᠦᠨ ᠰᠠᠩ ᠬᠦᠮᠦᠷᠭᠡ ᠪᠣᠯᠤᠨ 30000 ᠺᠦᠸᠠᠳ᠋ ᠮᠧᠲ᠋ᠷ ᠦᠨ ᠣᠳᠤᠬᠢᠴᠢᠯᠠᠭᠰᠠᠨ ᠨᠣᠮ ᠰᠡᠳᠭᠦᠯ ᠬᠡᠪᠯᠡᠬᠦ ᠰᠠᠭᠤᠷᠢᠨ ᠭᠠᠵᠠᠷ ᠲᠠᠢ᠃ 2009᠂ 2010 ᠣᠨ ᠳᠤ ᠪᠦᠬᠦ ᠤᠯᠤᠰ ᠤᠨ ᠣᠷᠤᠨ ᠨᠤᠲᠤᠭ ᠤᠨ ᠬᠡᠪᠯᠡᠯ ᠦᠨ ᠬᠣᠷᠢᠶᠠᠨ ᠤ ᠠᠵᠤ ᠠᠬᠤᠢ ᠶᠢᠨ ᠶᠡᠷᠦᠩᠬᠡᠢᠢᠯᠡᠭᠰᠡᠨ ᠦᠨᠡᠯᠡᠯᠲᠡ ᠳᠦ ᠲᠤᠰ ᠪᠦᠷᠢ 6᠂ 4 ᠳᠦ ᠪᠠᠢᠢᠷᠢᠯᠠᠵᠠᠢ᠃
21 ᠊ᠳᠦᠭᠡᠷ ᠵᠠᠭᠤᠨ ᠳᠤ ᠣᠷᠤᠭᠰᠠᠨ ᠡᠴᠠ ᠬᠣᠢᠢᠰᠢ᠂ ᠮᠠᠨ ᠤ ᠬᠣᠷᠢᠶᠠᠨ ᠤ ᠬᠢᠨ ᠦᠵᠡᠯ ᠰᠠᠨᠠᠭ᠎ᠠ ᠪᠠᠨ ᠴᠢᠯᠦᠭᠡᠯᠡᠨ ᠦᠵᠡᠯᠲᠡ ᠣᠢᠢᠯᠭᠠᠭᠳᠠᠬᠤᠨ ᠢᠶᠠᠨ ᠰᠢᠨᠡᠳᠭᠡᠵᠦ ᠵᠣᠷᠢᠭᠲᠠᠢ ᠦᠭᠡᠷᠡᠴᠢᠯᠡᠵᠦ ᠰᠢᠨᠡᠴᠢᠯᠡᠨ᠂ 《 ᠨᠢᠭᠡ ᠬᠣᠷᠢᠶᠠᠨ ᠳᠤ ᠬᠣᠶᠠᠷ ᠵᠦᠢᠯ ᠦᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ》ᠰᠡᠳᠭᠢᠮᠵᠢ ᠶᠢ ᠳᠤᠷᠠᠳᠴᠤ ᠬᠡᠷᠡᠭᠵᠢᠭᠦᠯᠦᠭᠡᠳ《 ᠨᠣᠮ ᠬᠡᠪᠯᠡᠯ ᠢᠢᠡᠷ ᠭᠣᠣᠯᠯᠠᠭᠤᠯᠵᠤ ᠣᠯᠠᠨ ᠡᠰᠢ ᠪᠡᠷ ᠬᠥᠭᠵᠢᠭ᠌ᠰᠡᠨ ᠠᠵᠤ ᠦᠢᠯᠡᠰ ᠦᠨ ᠴᠣᠭᠴᠠᠯᠠᠪᠤᠷᠢ ᠶᠢ ᠪᠠᠢᠢᠭᠤᠯᠬᠤ》ᠵᠣᠷᠢᠯᠲᠠ ᠪᠠᠷ᠂ ᠨᠠᠢᠢᠷᠠᠭᠤᠯᠬᠤ᠂ ᠬᠡᠪᠯᠡᠭᠦᠯᠬᠦ᠂ ᠲᠠᠷᠬᠠᠭᠠᠬᠤ ᠭᠤᠷᠪᠠᠨ ᠶᠠᠪᠤᠴᠠ ᠶᠢᠨ ᠲᠣᠭᠤᠷᠢᠨ ᠳᠤ ᠤᠯᠠᠮᠵᠢᠯᠠᠯᠲᠤ ᠨᠣᠮ ᠬᠡᠪᠯᠡᠯ ᠦᠨ ᠠᠵᠤ ᠦᠢᠯᠡᠰ ᠦᠨ ᠬᠡᠯᠬᠢᠶ᠎ᠡ ᠶᠢ ᠨᠦᠬᠦᠨ ᠪᠦᠷᠢᠳᠦᠭᠦᠯᠵᠦ ᠲᠡᠭᠦᠯᠳᠡᠷᠵᠢᠭᠦᠯᠬᠦ ᠶᠢᠨ ᠬᠠᠮᠲᠤ ᠣᠳᠤᠬᠢᠴᠢᠯᠠᠭᠰᠠᠨ ᠨᠣᠮ ᠬᠡᠪᠯᠡᠯ ᠦᠨ ᠠᠵᠤ ᠦᠢᠯᠡᠰ ᠦᠨ ᠬᠡᠯᠬᠢᠶ᠎ᠡ ᠶᠢ ᠪᠠᠢᠢᠭᠤᠯᠵᠤ ᠬᠠᠮᠢᠶ᠎ᠠ ᠪᠦᠬᠦᠢ ᠠᠵᠤ ᠦᠢᠯᠡᠰ ᠦᠨ ᠬᠦᠷᠢᠶᠡᠨ ᠵᠦᠭ ᠵᠣᠷᠢᠭᠲᠠᠢ ᠬᠠᠢᠢᠯᠲᠠ ᠬᠢᠪᠡ᠃ ᠢᠩᠭᠢᠭ᠍ᠰᠡᠨ ᠢᠢᠡᠷ ᠣᠳᠣᠬᠠᠨ ᠳᠤ ᠮᠠᠨ ᠤ ᠠᠵᠤ ᠦᠢᠯᠡᠰ ᠨᠢ ᠨᠠᠢᠢᠷᠠᠭᠤᠯᠵᠤ ᠬᠡᠪᠯᠡᠭᠦᠯᠬᠦ᠂ ᠬᠡᠪᠯᠡᠬᠦ᠂ ᠲᠠᠷᠬᠠᠭᠠᠬᠤ᠂ ᠳ᠋ᠢᠵᠢᠲ ᠬᠡᠪᠯᠡᠯ᠂ ᠨᠧᠲ ᠬᠡᠪᠯᠡᠯ᠂ ᠠᠯᠤᠰ ᠬᠢᠴᠢᠶᠡᠯᠯᠡᠭᠡ᠂ ᠵᠢᠷᠤᠭ ᠴᠢᠮᠡᠭᠯᠡᠯ᠂ ᠳᠠᠭᠤ ᠳᠦᠷᠰᠦ ᠰᠢᠩᠭᠡᠭᠡᠯᠲᠡ᠂ ᠰᠣᠹᠲ᠋ᠸᠠᠢᠢᠷ ᠪᠣᠯᠪᠠᠰᠤᠷᠠᠭᠤᠯᠬᠤ᠂ ᠵᠣᠴᠢᠳ ᠤᠨ ᠪᠠᠭᠤᠳᠠᠯ ᠤᠨ ᠦᠢᠯᠡᠴᠢᠯᠡᠭᠡ᠂ ᠡᠳ᠋ᠯᠡᠩ ᠬᠠᠮᠢᠶᠠᠷᠤᠯᠲᠠ ᠡᠳ᠋ ᠬᠥᠷᠦᠩᠭᠡ ᠶᠢᠨ ᠡᠵᠡᠩᠨᠡᠯᠲᠡ ᠵᠡᠷᠭᠡ ᠣᠯᠠᠨ ᠠᠵᠢᠯ ᠲᠥᠷᠦᠯ ᠢ ᠬᠠᠮᠤᠷᠬᠤ ᠪᠣᠯᠵᠠᠢ᠃
ᠮᠠᠨ ᠤ ᠬᠣᠷᠢᠶ᠎ᠠ ᠣᠳᠤᠬᠠᠨ ᠳᠤ ᠬᠣᠷᠢᠶᠠᠨ ᠤ ᠠᠯᠪᠠᠨ ᠭᠡᠷ᠂ ᠶᠡᠷᠦᠩᠬᠡᠢ ᠨᠠᠢᠢᠷᠠᠭᠤᠯᠤᠭᠴᠢ ᠶᠢᠨ ᠠᠯᠪᠠᠨ ᠭᠡᠷ᠂ ᠬᠦᠮᠦᠨ ᠬᠦᠴᠦᠨ ᠦ ᠬᠡᠯᠲᠡᠰ᠂ ᠨᠢᠭᠲᠠᠯᠠᠨ ᠪᠣᠳᠤᠬᠤ ᠬᠡᠯᠲᠡᠰ᠂ ᠬᠡᠪᠯᠡᠭᠦᠯᠬᠦ ᠬᠡᠯᠲᠡᠰ᠂ ᠲᠠᠷᠬᠠᠭᠠᠬᠤ ᠬᠡᠯᠲᠡᠰ᠂ ᠬᠡᠪᠯᠡᠯ ᠦᠨ ᠡᠷᠬᠡ ᠢᠢᠨ ᠠᠵᠢᠯ ᠶᠠᠪᠤᠳᠠᠯ ᠤᠨ ᠬᠡᠯᠲᠡᠰ᠂ ᠠᠵᠢᠯ ᠠᠴᠠ ᠠᠮᠠᠷᠠᠭᠰᠠᠨ ᠺᠠᠲᠷᠴᠤᠳ ᠤᠨ ᠠᠵᠢᠯ ᠤᠨ ᠬᠡᠯᠲᠡᠰ᠂ ᠨᠡᠢᠢᠭᠡᠮ ᠰᠢᠨᠵᠢᠯᠡᠭᠡᠨ ᠦ ᠰᠤᠷᠬᠤ ᠪᠢᠴᠢᠭ᠌ ᠨᠠᠢᠢᠷᠠᠭᠤᠯᠬᠤ ᠬᠡᠯᠲᠡᠰ᠂ ᠪᠠᠢᠢᠭᠠᠯᠢ ᠰᠢᠨᠵᠢᠯᠡᠭᠡᠨ ᠦ ᠰᠤᠷᠬᠤ ᠪᠢᠴᠢᠭ᠌ ᠨᠠᠢᠢᠷᠠᠭᠤᠯᠬᠤ ᠬᠡᠯᠲᠡᠰ᠂ ᠬᠢᠲᠠᠳ ᠰᠤᠷᠬᠤ ᠪᠢᠴᠢᠭ᠌ ᠨᠠᠢᠢᠷᠠᠭᠤᠯᠬᠤ ᠬᠡᠯᠲᠡᠰ᠂ ᠤᠷᠠᠨ ᠵᠢᠷᠤᠭ ᠤᠨ ᠰᠤᠷᠬᠤ ᠪᠢᠴᠢᠭ᠌ ᠨᠠᠢᠢᠷᠠᠭᠤᠯᠬᠤ ᠬᠡᠯᠲᠡᠰ᠂ ᠵᠢᠭᠠᠬᠤ ᠮᠠᠲ᠋ᠧᠷᠢᠶᠠᠯ ᠰᠤᠳᠤᠯᠬᠤ ᠲᠥᠪ᠂ ᠨᠣᠮ ᠪᠢᠴᠢᠭ᠌ ᠰᠡᠳᠦᠬᠦ ᠲᠥᠪ᠂ ᠮᠡᠳᠡᠭᠡ ᠵᠠᠩᠭᠢ ᠶᠢᠨ ᠲᠥᠪ᠂ ᠡᠳ᠋ᠯᠡᠩ ᠬᠠᠮᠢᠶᠠᠷᠤᠯᠲᠠ ᠶᠢᠨ ᠲᠥᠪ᠂ ᠰᠣᠨᠢᠨ ᠰᠡᠳᠭᠦᠯ ᠦᠨ ᠬᠣᠷᠢᠶ᠎ᠠ ᠵᠡᠷᠭᠡ 17 ᠨᠢᠭᠡᠴᠢ ᠲᠡᠢ᠂ᠦᠢᠯᠡᠰ ᠺᠣᠮᠫᠠᠨᠢ᠂ ᠳᠠᠷᠬᠠᠨ ᠺᠣᠮᠫᠠᠨᠢ᠂ ᠠᠰᠢᠳᠠ ᠺᠣᠮᠫᠠᠨᠢ᠂ ᠮᠣᠨᠢ ᠺᠣᠮᠫᠠᠨᠢ᠂ ᠮᠠᠨᠳᠤᠮᠤᠢ ᠺᠣᠮᠫᠠᠨᠢ ᠵᠡᠷᠭᠡ 5 ᠲᠣᠮᠤ ᠺᠣᠮᠫᠠᠨᠢ ᠬᠢᠭᠡᠳ ᠨᠣᠮ ᠪᠢᠴᠢᠭ᠌ ᠦᠨ ᠳᠡᠯᠭᠡᠭᠦᠷ᠂ ᠦᠢᠯᠡᠰ ᠪᠠᠭᠤᠳᠠᠯ᠂ ᠠᠨᠳᠠ ᠺᠣᠮᠫᠠᠨᠢ ᠵᠡᠷᠭᠡ ᠬᠤᠪᠢᠶᠠᠷᠢ ᠺᠣᠮᠫᠠᠨᠢ ᠨᠤᠭᠤᠳ ᠲᠠᠢ᠃ ᠮᠠᠨ ᠤ ᠬᠣᠷᠢᠶᠠᠨ ᠤ ᠴᠢᠳᠠᠪᠤᠷᠢᠲᠠᠨ ᠤ ᠡᠩᠨᠡᠭᠡ ᠨᠢ ᠬᠡᠯᠡ ᠵᠣᠬᠢᠶᠠᠯ᠂ ᠲᠣᠭᠠᠨ ᠤ ᠤᠬᠠᠭᠠᠨ᠂ ᠭᠠᠳᠠᠭᠠᠳᠤ ᠬᠡᠯᠡ᠂ ᠹᠢᠽᠢᠺ᠂ ᠬᠢᠮᠢ᠂ ᠪᠢᠣᠯᠣᠭᠢ᠂ ᠲᠡᠦᠬᠡ᠂ ᠭᠠᠵᠠᠷ ᠵᠦᠢ᠂ ᠤᠯᠤᠰ ᠲᠥᠷᠦ᠂ ᠠᠵᠤ ᠠᠬᠤᠢ᠂ ᠬᠠᠤᠯᠢ ᠴᠠᠭᠠᠵᠠ ᠵᠡᠷᠭᠡ 30 ᠭᠠᠷᠤᠢ ᠰᠢᠨᠵᠢᠯᠡᠭᠡᠨ ᠢ ᠬᠠᠮᠤᠷᠴᠤ ᠊ᠳᠤᠺᠲ᠋ᠤᠷ᠂ ᠮᠠᠰᠲ᠋ᠧᠷ᠂ ᠰᠤᠷᠤᠯᠭᠠᠲᠠᠨ ᠢᠶᠡᠷ ᠭᠤᠤᠯ ᠪᠤᠯᠭᠠᠭᠰᠠᠨ᠂ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠲᠠᠢ᠂ ᠣᠯᠠᠨ ᠰᠢᠨᠵᠢᠯᠡᠭᠡ ᠠᠵᠢᠯ ᠲᠥᠷᠦᠯ ᠦᠨ᠂ ᠨᠠᠰᠤ ᠵᠠᠯᠠᠭᠤ᠂ ᠳᠡᠭᠡᠲᠦ ᠬᠡᠪ ᠴᠢᠨᠠᠷ ᠪᠦᠬᠦᠢ ᠲᠤᠰᠭᠠᠢ ᠮᠡᠷᠭᠡᠵᠢᠯ ᠦᠨ ᠴᠢᠳᠠᠪᠤᠷᠢᠲᠠᠨ ᠤ ᠡᠩᠨᠡᠭᠡ ᠪᠣᠯᠵᠤ ᠪᠦᠷᠢᠯᠳᠦᠪᠡ᠃ ᠲᠡᠳᠡᠨ ᠦ ᠳᠤᠲᠤᠷ᠎ᠠ ᠡᠴᠡ《 ᠳᠤᠮᠳᠠᠳᠤ ᠤᠯᠤᠰ ᠤᠨ ᠬᠡᠪᠯᠡᠯ ᠦᠨ ᠠᠵᠤ ᠦᠢᠯᠡᠰ ᠦᠨ ᠮᠠᠩᠯᠠᠢᠢᠯᠠᠭᠴᠢ ᠴᠢᠳᠠᠪᠤᠷᠢᠲᠠᠨ》᠂《 ᠠᠩᠬᠠᠳᠠᠭᠴᠢ ᠤᠳᠠᠭᠠᠨ ᠤ ᠳᠤᠮᠳᠠᠳᠤ ᠤᠯᠤᠰ ᠤᠨ ᠬᠡᠪᠯᠡᠯ ᠦᠨ ᠲᠥᠷᠦ ᠶᠢᠨ ᠱᠠᠩᠨᠠᠯ — ᠰᠢᠯᠢᠳᠡᠭ ᠬᠦᠮᠦᠰ 》᠂ 《 ᠪᠦᠬᠦ ᠤᠯᠤᠰ ᠤᠨ ᠢᠳᠡᠷ ᠵᠠᠯᠠᠭᠤ ᠬᠡᠪᠯᠡᠯ ᠦᠨ ᠮᠡᠷᠭᠡᠵᠢᠯᠲᠡᠨ》᠂ 《ᠪᠦᠬᠦ ᠤᠯᠤᠰ ᠤᠨ ᠵᠠᠭᠤᠨ ᠰᠤᠳᠤᠨ ᠬᠡᠪᠯᠡᠯ ᠦᠨ ᠠᠵᠢᠯᠲᠠᠨ》᠂《 ᠳᠤᠮᠳᠠᠳᠤ ᠤᠯᠤᠰ ᠤᠨ ᠵᠠᠭᠤᠨ ᠰᠢᠯᠢᠳᠡᠭ ᠬᠡᠪᠯᠡᠯ ᠦᠨ ᠠᠵᠤ ᠠᠬᠤᠢᠢᠯᠠᠯᠲᠠᠨ》᠂《ᠪᠦᠬᠦ ᠤᠯᠤᠰ ᠤᠨ ᠰᠤᠨᠢᠨ ᠮᠡᠳᠡᠭᠡ ᠬᠡᠪᠯᠡᠯ ᠦᠨ ᠦᠢᠯᠡᠰ ᠲᠦ ᠲᠤᠪᠤᠢᠢᠮ᠎ᠠ ᠵᠢᠳᠭᠦᠯ ᠲᠡᠢ ᠢᠳᠡᠷ ᠵᠠᠯᠠᠭᠤ ᠲᠤᠰᠭᠠᠢ ᠮᠡᠷᠭᠡᠵᠢᠯᠲᠡᠨ》᠂《 ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠵᠢᠱᠢᠶᠡᠴᠢ》᠂《ᠪᠦᠬᠦ ᠤᠯᠤᠰ ᠤᠨ ᠢᠳᠡᠷ ᠵᠠᠯᠠᠭᠤ ᠰᠢᠯᠢᠳᠡᠭ ᠨᠠᠢᠢᠷᠠᠭᠤᠯᠤᠭᠴᠢ》᠂《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠰᠤᠳᠤᠨ ᠨᠠᠢᠢᠷᠠᠭᠤᠯᠤᠭᠴᠢ 》᠂ 《ᠮᠤᠩᠭᠤᠯ ᠬᠡᠯᠡ ᠪᠢᠴᠢᠭ᠌ ᠢ ᠰᠤᠷᠴᠤ ᠬᠡᠷᠡᠭᠯᠡᠭᠰᠡᠨ ᠲᠡᠷᠢᠬᠦᠨ ᠤ ᠬᠣᠪᠢ ᠬᠦᠮᠦᠨ》ᠵᠡᠷᠭᠡ ᠰᠢᠯᠢᠳᠡᠭ ᠰᠣᠳᠤᠨ ᠬᠦᠮᠦᠰ ᠤᠷᠢᠳ ᠬᠣᠵᠢᠳ ᠴᠤᠯᠭᠤᠷᠠᠨ ᠭᠠᠷᠴᠠᠢ᠃
ᠡᠷᠳᠡᠮ ᠮᠡᠳᠡᠯᠭᠡ ᠬᠣᠪᠢ ᠵᠠᠶᠠᠭ᠎ᠠ ᠶᠢ ᠦᠭᠡᠷᠡᠴᠢᠯᠡᠵᠦ᠂ ᠰᠤᠷᠭᠠᠨ ᠬᠦᠮᠦᠵᠢᠯ ᠠᠯᠤᠰ ᠢᠷᠡᠭᠡᠳᠦᠢ ᠶᠢ ᠲᠣᠭᠲᠠᠭᠠᠮᠤᠢ᠃ ᠦᠪᠦᠷ ᠮᠤᠩᠭᠤᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠣᠷᠢᠶᠠᠨ ᠤ ᠬᠢᠨ ᠴᠠᠭ ᠦᠶ᠎ᠡ ᠲᠡᠢ ᠠᠯᠬᠤᠮ ᠢᠢᠡᠨ ᠨᠢᠭᠡᠳᠭᠡᠨ ᠦᠭᠡᠷᠡᠴᠢᠯᠡᠯᠲᠡ ᠶᠢᠨ ᠳᠤᠮᠳᠠ ᠠᠬᠢᠵᠤ᠂ ᠨᠡᠭᠡᠭᠡᠯᠲᠡ ᠶᠢᠨ ᠶᠠᠪᠤᠴᠠ ᠳᠤ ᠳᠠᠪᠰᠢᠨ᠂ ᠡᠭᠦᠳᠦᠯᠲᠡ ᠶᠢᠨ ᠶᠠᠪᠤᠴᠠ ᠳᠤ ᠬᠦᠭᠵᠢᠵᠦ ᠰᠤᠷᠭᠠᠨ ᠬᠦᠮᠦᠵᠢᠯ ᠤᠨ ᠨᠠᠨᠳᠢᠨ ᠦᠢᠯᠡᠰ ᠲᠦ ᠨᠡᠩ ᠶᠡᠬᠡ ᠵᠢᠳᠭᠦᠯ ᠭᠠᠷᠭᠠᠬᠤ ᠪᠠᠷ ᠠᠭᠲᠠ ᠶᠢᠨ ᠵᠢᠯᠤᠭᠤ ᠰᠤᠩᠭᠠᠵᠤ ᠪᠤᠢ᠃